ᠣᠶᠤᠨ ᠤ ᠥᠮᠴᠢ ᠶᠢ ᠳᠡᠭᠡᠳᠦᠯᠡᠵᠡᠭᠡᠶ᠎ᠡ

《ᠣᠶᠤᠨ ᠤ ᠥᠮᠴᠢ᠂ ᠢᠨᠨᠣᠸᠠᠼ》 ᠦᠢᠯᠡ ᠠᠵᠢᠯᠯᠠᠭᠠᠨ ᠤ ᠡᠳᠦᠷᠯᠢᠭ ᠠᠮᠵᠢᠯᠲᠠᠲᠠᠢ ᠵᠣᠬᠢᠶᠠᠨ ᠪᠠᠶᠢᠭᠤᠯᠤᠭᠳᠠᠯ᠎ᠠ

ᠳᠡᠯᠡᠬᠡᠢ ᠶᠢᠨ ᠣᠶᠤᠨ ᠤ ᠥᠮᠴᠢ ᠶᠢᠨ ᠡᠳᠦᠷ ᠢ ᠲᠣᠬᠢᠶᠠᠯᠳᠤᠭᠤᠯᠤᠨ ᠤᠯᠠᠭᠠᠨᠪᠠᠭᠠᠲᠤᠷ ᠲᠡᠮᠦᠷ ᠵᠠᠮ ᠤᠨ ᠲᠧᠭᠨᠢᠭ ᠦᠨ ᠪᠣᠳᠣᠯᠭ᠎ᠠ᠂ ᠰᠲ᠋ᠠᠨᠳᠠᠷᠴᠢᠯᠠᠯ ᠤᠨ ᠠᠯᠪᠠ 《ᠣᠶᠤᠨ ᠤ ᠥᠮᠴᠢ᠂ ᠢᠨᠨᠣᠸᠠᠼᠢ》 ᠡᠳᠦᠷᠯᠢᠭ ᠢ ᠵᠣᠬᠢᠶᠠᠨ ᠪᠠᠶᠢᠭᠤᠯᠤᠯ᠎ᠠ᠃ ᠡᠳᠦᠷᠯᠢᠭ ᠲᠦ ᠤᠯᠠᠭᠠᠨᠪᠠᠭᠠᠲᠤᠷ ᠤᠨ ᠲᠡᠮᠦᠷ ᠵᠠᠮ ᠤᠨ ᠠᠯᠪᠠ᠂ ᠬᠡᠯᠲᠦᠰ ᠦᠳ ᠣᠷᠣᠯᠴᠠᠵᠤ᠂ ᠥᠪᠡᠷᠰᠡᠳ ᠦᠨ ᠰᠡᠭᠦᠯ ᠦᠨ 3 ᠵᠢᠯ ᠳᠦ ᠰᠢᠨ᠎ᠡ ᠪᠡᠷ ᠰᠡᠳᠦᠵᠦ ᠬᠡᠷᠡᠭᠵᠢᠭᠦᠯᠦᠭᠰᠡᠨ ᠰᠢᠨ᠎ᠡ ᠪᠦᠲᠦᠭᠡᠯ᠂ ᠠᠰᠢᠭᠲᠠᠢ ᠵᠠᠭᠪᠤᠷ ᠤᠳ ᠢᠶᠠᠷ ᠢᠶᠠᠨ ᠦᠵᠡᠰᠬᠦᠯᠡᠩ ᠵᠣᠬᠢᠶᠠᠨ ᠪᠠᠶᠢᠭᠤᠯᠤᠭᠰᠠᠨ ᠶᠤᠮ᠃ ᠲᠤᠰ ᠠᠷᠭ᠎ᠠ ᠬᠡᠮᠵᠢᠶᠡᠨ ᠳᠦ ᠤᠯᠠᠭᠠᠨᠪᠠᠭᠠᠲᠤᠷ ᠤᠨ ᠲᠡᠮᠦᠷ ᠵᠠᠮ ᠤᠨ ᠨᠢᠭᠡᠳᠦᠭᠡᠷ ᠣᠷᠣᠯᠠᠭᠴᠢ ᠳᠠᠷᠤᠭ᠎ᠠ ᠢ᠊ ∙ ᠸ ∙ ᠮᠢᠯᠠᠰᠤᠲᠠᠨ ᠤ ᠬᠢ᠂ ᠶᠡᠷᠦᠩᠬᠡᠢ ᠢᠨᠵᠧᠨᠧᠷ ᠰ ∙ ᠫ ∙ ᠰᠲ᠋ᠠᠼᠧᠸ᠂ ᠤᠳᠤᠷᠢᠳᠤᠯᠭ᠎ᠠ ᠶᠢᠨ ᠠᠰᠠᠭᠤᠳᠠᠯ ᠬᠠᠷᠢᠭᠤᠴᠠᠭᠰᠠᠨ ᠵᠠᠮ ᠤᠨ ᠣᠷᠣᠯᠠᠭᠴᠢ ᠳᠠᠷᠤᠭ᠎ᠠ ᠨ ∙ ᠡᠩᠬᠡᠴᠣᠭ ᠲᠤ᠂ ᠰᠠᠭᠤᠷᠢ ᠪᠦᠲᠦᠴᠡ ᠬᠠᠷᠢᠭᠤᠴᠠᠭᠰᠠᠨ ᠵᠠᠮ ᠤᠨ ᠣᠷᠣᠯᠠᠭᠴᠢ ᠳᠠᠷᠤᠭ᠎ᠠ ᠺ ∙ ᠷ ∙ ᠪᠧᠯᠣᠰᠢ᠂ ᠮᠡᠳᠡᠭᠡᠯᠡᠯ ᠦᠨ ᠲᠧᠭᠨᠣᠯᠣᠭᠢ ᠬᠠᠷᠢᠭᠤᠴᠠᠭᠰᠠᠨ ᠵᠠᠮ ᠤᠨ ᠣᠷᠣᠯᠠᠭᠴᠢ ᠳᠠᠷᠤᠭ᠎ᠠ ᠺ ∙ ᠸ ∙ ᠠᠰᠯᠠᠨᠠᠪ ᠪᠣᠯᠤᠨ ᠠᠯᠪᠠᠨ ᠤ ᠪᠤᠰᠤᠳ ᠬᠦᠮᠦᠰ ᠣᠷᠣᠯᠴᠠᠭᠰᠠᠨ ᠪᠥᠭᠡᠳ ᠣᠶᠤᠨ ᠤ ᠥᠮᠴᠢ ᠶᠢᠨ ᠭᠠᠵᠠᠷ ᠤᠨ ᠵᠠᠬᠢᠷᠭ᠎ᠠ᠂ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠪ ∙ ᠠᠮᠤᠭᠤᠯᠠᠩ ᠣᠷᠣᠯᠴᠠᠵᠤ᠂ ᠤᠯᠠᠭᠠᠨᠪᠠᠭᠠᠲᠤᠷ ᠤᠨ ᠲᠡᠮᠦᠷ ᠵᠠᠮ ХНН ᠍ ᠢ ᠰᠢᠨ᠎ᠡ ᠶᠢ ᠰᠠᠨᠠᠭᠠᠴᠢᠯᠠᠬᠤ᠂ ᠵᠣᠬᠢᠶᠠᠨ ᠪᠦᠲᠦᠭᠡᠬᠦ ᠦᠢᠯᠡᠰ ᠢ ᠳᠡᠮᠵᠢᠨ᠂ ᠣᠶᠤᠨ ᠤ ᠥᠮᠴᠢ ᠶᠢᠨ ᠰᠠᠯᠪᠤᠷᠢ ᠳᠤ ᠣᠷᠣᠭᠤᠯᠤᠭᠰᠠᠨ ᠬᠤᠪᠢ ᠨᠡᠮᠡᠷᠢ ᠶᠢ ᠦᠨᠡᠯᠡᠵᠦ᠂ ᠣᠶᠤᠨ ᠤ ᠥᠮᠴᠢ ᠶᠢᠨ ᠭᠠᠵᠠᠷ ᠤᠨ 《ᠬᠦᠨᠳᠦᠲᠦ ᠡᠷᠭᠦᠮᠵᠢᠯᠡᠯ》 ᠍ ᠢ ᠭᠠᠷᠳᠠᠭᠤᠯᠤᠨ ᠥᠭᠭᠦᠯ᠎ᠡ᠃