ᠣᠶᠤᠨ ᠤ ᠥᠮᠴᠢ ᠶᠢ ᠳᠡᠭᠡᠳᠦᠯᠡᠵᠡᠭᠡᠶ᠎ᠡ

ᠣᠶᠤᠨ ᠤ ᠥᠮᠴᠢ ᠶᠢᠨ ᠭᠠᠵᠠᠷ ᠤᠨ ᠲᠠᠨᠢᠯᠴᠠᠭᠤᠯᠭ᠎ᠠ

ᠬᠦᠮᠦᠨ ᠦ ᠵᠣᠬᠢᠶᠠᠨ ᠪᠦᠲᠦᠭᠡᠭᠰᠡᠨ ᠣᠶᠤᠨ ᠤ ᠥᠮᠴᠢ ᠶᠢ ᠬᠠᠮᠠᠭᠠᠯᠠᠬᠤ ᠳᠡᠯᠡᠬᠡᠢ ᠳᠠᠬᠢᠨ ᠤ ᠴᠢᠭ ᠬᠠᠨᠳᠤᠯᠭ᠎ᠠ ᠶᠢᠨ ᠳᠠᠭᠠᠤ ᠮᠣᠩᠭᠣᠯ ᠤᠯᠤᠰ ᠠᠩᠬᠠᠨ ᠤ ᠪᠠᠷᠢᠮᠲᠠ ᠪᠢᠴᠢᠭ ᠢ 1944 ᠣᠨ ᠳᠤ БНМАУ ᠍ ᠤᠨ ᠠᠷᠠᠳ ᠤᠨ ᠰᠠᠶᠢᠳ ᠨᠠᠷ ᠤᠨ ᠵᠥᠪᠯᠡᠯ ᠡᠴᠡ ᠪᠠᠲᠤᠯᠠᠨ ᠭᠠᠷᠭᠠᠭᠰᠠᠨ ᠪᠥᠭᠡᠳ ᠡᠨᠡ ᠨᠢ 《ᠰᠢᠨ᠎ᠡ ᠶᠠᠭᠤᠮ᠎ᠠ ᠵᠣᠬᠢᠶᠠᠨ ᠪᠦᠲᠦᠭᠡᠬᠦ ᠪᠠ ᠦᠢᠯᠡᠳᠪᠦᠷᠢ ᠳᠦ ᠣᠨᠣᠪᠴᠢᠲᠠᠢ ᠰᠠᠶᠢᠨ ᠰᠠᠨᠠᠯ ᠭᠠᠷᠭᠠᠭᠴᠢᠳ ᠢ ᠱᠠᠩᠨᠠᠵᠤ ᠤᠷᠮᠠᠰᠢᠭᠤᠯᠬᠤ ᠲᠤᠬᠠᠢ ᠵᠢᠭᠠᠪᠤᠷᠢ》 ᠶᠤᠮ᠃ ᠡᠨᠡ ᠦᠶᠡᠰ ᠡᠬᠢᠯᠡᠨ ᠣᠶᠤᠨ ᠤ ᠥᠮᠴᠢ ᠶᠢ ᠬᠠᠮᠠᠭᠠᠯᠠᠬᠤ᠂ ᠦᠢᠯᠡᠳᠪᠦᠷᠢᠯᠡᠯ ᠳᠦ ᠨᠡᠪᠲᠡᠷᠡᠭᠦᠯᠬᠦ᠂ ᠤᠷᠮᠠᠰᠢᠭᠤᠯᠤᠨ ᠳᠡᠮᠵᠢᠬᠦ ᠡᠭᠦᠷᠭᠡ ᠶᠢ ᠲᠥᠷᠥ ᠶᠢᠨ ᠲᠣᠳᠣᠷᠬᠠᠢ ᠪᠠᠶᠢᠭᠤᠯᠤᠯᠭ᠎ᠠ ᠨᠤᠭᠤᠳ ᠬᠥᠭᠵᠢᠯ ᠦᠨ ᠲᠣᠳᠣᠷᠬᠠᠢ ᠦᠶ᠎ᠡ ᠨᠦᠭᠦᠳ ᠲᠦ ᠭᠦᠢᠴᠡᠳᠭᠡᠭᠰᠡᠭᠡᠷ ᠢᠷᠡᠵᠡᠢ᠃ ᠲᠤᠬᠠᠶᠢᠯᠠᠪᠠᠯ


  • 1945 ᠣᠨ ᠠᠴᠠ ᠤᠯᠤᠰ ᠤᠨ ᠲᠥᠯᠥᠪᠯᠡᠯᠲᠡ ᠶᠢᠨ ᠭᠠᠵᠠᠷ ᠲᠤ ᠰᠢᠨ᠎ᠡ ᠰᠠᠨᠠᠭᠠᠴᠢᠯᠭ᠎ᠠ ᠶᠢᠨ ᠤᠯᠤᠰ ᠤᠨ ᠺᠣᠮᠢᠰ 
  • 1960 ᠣᠨ ᠠᠴᠠ ᠤᠯᠤᠰ ᠤᠨ ᠰᠲ᠋ᠠᠨᠳᠠᠷᠲ ᠤᠨ ᠲᠥᠪ ᠭᠠᠵᠠᠷ ᠲᠤ ᠰᠢᠨ᠎ᠡ ᠪᠦᠲᠦᠭᠡᠯ ᠦᠨ ᠬᠡᠯᠲᠡᠰ 
  • 1971 ᠣᠨ ᠠᠴᠠ ᠰᠢᠨᠵᠢᠯᠡᠬᠦ ᠤᠬᠠᠭᠠᠨ᠂ ᠲᠧᠭᠨᠢᠭ ᠦᠨ ᠤᠯᠤᠰ ᠤᠨ ᠬᠣᠷᠢᠶᠠᠨ ᠤ ᠰᠢᠨ᠎ᠡ ᠪᠦᠲᠦᠭᠡᠯ᠂ ᠣᠨᠣᠪᠴᠢᠲᠠᠢ ᠰᠠᠨᠠᠯ ᠤᠨ ᠬᠡᠯᠲᠡᠰ 
  • 1990 ᠣᠨ ᠠᠴᠠ ᠦᠨᠳᠦᠰᠦᠨ ᠦ ᠬᠥᠭᠵᠢᠯ ᠦᠨ ᠶᠠᠮᠤᠨ ᠤ ᠳᠡᠷᠭᠡᠳᠡ ᠫᠠᠲ᠋ᠧᠨᠲ᠂ ᠪᠠᠷᠠᠭᠠᠨ ᠤ ᠲᠡᠮᠳᠡᠭ ᠦᠨ ᠭᠠᠵᠠᠷ 
  • 1993 ᠣᠨ ᠠᠴᠠ ᠰᠣᠶᠣᠯ ᠤᠨ ᠶᠠᠮᠤᠨ ᠤ ᠳᠡᠷᠭᠡᠳᠡ ᠵᠣᠬᠢᠶᠠᠭᠴᠢ ᠶᠢᠨ ᠡᠷᠬᠡ ᠶᠢᠨ ᠭᠠᠵᠠᠷ 
  • 1996 ᠣᠨ ᠠᠴᠠ ᠵᠣᠬᠢᠶᠠᠭᠴᠢ ᠶᠢᠨ ᠡᠷᠬᠡ ᠶᠢᠨ ᠭᠠᠵᠠᠷ᠂ ᠫᠠᠲ᠋ᠧᠨᠲ ᠤᠨ ᠭᠠᠵᠠᠷ ᠤᠳ ᠢ ᠨᠢᠭᠡᠳᠬᠡᠨ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠣᠶᠤᠨ ᠤ ᠥᠮᠴᠢ ᠶᠢᠨ ᠭᠠᠵᠠᠷ 
  • 2016 ᠣᠨ ᠠᠴᠠ ᠣᠶᠤᠨ ᠤ ᠥᠮᠴᠢ᠂ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ 


ᠮᠣᠩᠭᠣᠯ ᠤᠯᠤᠰ ᠤᠨ ᠵᠠᠰᠠᠭ ᠤᠨ ᠭᠠᠵᠠᠷ ᠤᠨ 2018 ᠣᠨ ᠤ 175 ᠳ᠋ᠤᠭᠠᠷ ᠲᠣᠭᠲᠠᠭᠠᠯ ᠢᠶᠠᠷ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠣᠶᠤᠨ ᠤ ᠥᠮᠴᠢ ᠶᠢᠨ ᠭᠠᠵᠠᠷ ᠨᠡᠷ᠎ᠡ ᠲᠡᠢ ᠪᠡᠷ᠂ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ ᠤ ᠬᠠᠷᠢᠶ᠎ᠠ ᠰᠢᠨ᠎ᠡ ᠪᠡᠷ ᠪᠠᠶᠢᠭᠤᠯᠤᠭᠳᠠᠪᠠ᠃ᠣᠶᠤᠨ ᠤ ᠥᠮᠴᠢ ᠶᠢᠨ ᠭᠠᠵᠠᠷ ᠨᠢ ᠰᠠᠯᠪᠤᠷᠢ ᠶᠢᠨ ᠬᠠᠤᠯᠢ ᠲᠣᠭᠲᠠᠭᠠᠮᠵᠢ ᠶᠢ ᠪᠣᠯᠪᠠᠰᠤᠷᠠᠩᠭᠤᠢ ᠪᠣᠯᠭᠠᠬᠤ᠂ ᠣᠶᠤᠨ ᠤ ᠥᠮᠴᠢ ᠶᠢᠨ ᠬᠠᠮᠠᠭᠠᠯᠠᠯᠲᠠ ᠶᠢᠨ ᠲᠠᠯᠠᠷᠠᠬᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠣᠶᠤᠨ ᠤ ᠦᠨᠡᠲᠦ ᠵᠦᠢᠯ ᠢ ᠡᠷᠬᠡ ᠵᠦᠢ ᠶᠢᠨ ᠬᠤᠪᠢ ᠳᠤ ᠪᠠᠲᠤᠯᠠᠭᠠᠵᠢᠭᠤᠯᠬᠤ᠂ ᠲᠡᠳᠡᠭᠡᠷ ᠦᠨ ᠵᠣᠬᠢᠶᠠᠭᠴᠢ᠂ ᠡᠷᠬᠡ ᠡᠵᠡᠮᠰᠢᠭᠴᠢ ᠶᠢᠨ ᠬᠠᠤᠯᠢ ᠶᠣᠰᠣᠨ ᠤ ᠡᠷᠬᠡ᠂ ᠠᠰᠢᠭ ᠰᠣᠨᠢᠷᠬᠠᠯ ᠢ ᠬᠠᠮᠠᠭᠠᠯᠠᠬᠤ᠂ ᠡᠨᠡ ᠲᠠᠯᠠᠭᠠᠷᠬᠢ ᠡᠷᠬᠡ ᠵᠦᠢ ᠶᠢᠨ ᠵᠥᠪᠯᠡᠭᠡ᠂ ᠦᠢᠯᠡᠴᠢᠯᠡᠭᠡ ᠦᠵᠡᠭᠦᠯᠬᠦ ᠵᠠᠮ ᠢᠶᠠᠷ ᠣᠶᠤᠨ ᠤ ᠥᠮᠴᠢ ᠶᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ᠂ ᠦᠷ᠎ᠡ ᠠᠰᠢᠭ ᠢ ᠳᠡᠭᠡᠭᠰᠢᠯᠡᠭᠦᠯᠬᠦ᠂ ᠰᠤᠷᠲᠠᠯᠴᠢᠯᠠᠭ᠎ᠠ ᠶᠢ ᠥᠷᠭᠡᠵᠢᠭᠦᠯᠬᠦ᠂ ᠣᠶᠤᠨ ᠤ ᠪᠦᠲᠦᠭᠡᠯ ᠲᠤᠭᠤᠷᠪᠢᠭᠴᠢᠳ ᠤᠨ ᠦᠢᠯᠡ ᠠᠵᠢᠯᠯᠠᠭ᠎ᠠ ᠶᠢ ᠰᠤᠷᠲᠠᠯᠴᠢᠯᠠᠬᠤ᠂ ᠤᠷᠮᠠᠰᠢᠭᠤᠯᠤᠨ ᠳᠡᠮᠵᠢᠬᠦ ᠴᠢᠭ ᠡᠭᠦᠷᠭᠡ ᠲᠡᠢ ᠶᠤᠮ᠃ᠣᠶᠤᠨ ᠤ ᠥᠮᠴᠢ ᠶᠢᠨ ᠡᠷᠬᠡ ᠶᠢᠨ ᠬᠠᠮᠠᠭᠠᠯᠠᠯᠲᠠ ᠲᠠᠢ ᠬᠣᠯᠪᠣᠭᠠᠲᠠᠢ ᠠᠩᠬᠠᠨ ᠤ ᠪᠠᠷᠢᠮᠲᠠ ᠪᠢᠴᠢᠭ ᠪᠠᠲᠤᠯᠠᠭᠳᠠᠭᠰᠠᠨ ᠠᠴᠠ ᠬᠣᠶᠢᠰᠢ 1960 ᠣᠨ ᠳᠤ ᠨᠡᠭᠡᠭᠡᠯᠲᠡ᠂ ᠰᠢᠨ᠎ᠡ ᠪᠦᠲᠦᠭᠡᠯ᠂ ᠣᠨᠣᠪᠴᠢᠲᠠᠢ ᠰᠠᠨᠠᠯ ᠤᠨ ᠳᠦᠷᠢᠮ᠂ 1963 ᠣᠨ ᠳᠤ ᠢᠷᠭᠡᠨ ᠦ ᠬᠠᠤᠯᠢ ᠪᠠᠷ᠂ 1967 ᠣᠨ ᠳᠤ ᠪᠠᠷᠠᠭᠠᠨ ᠤ ᠲᠡᠮᠳᠡᠭ᠂ ᠭᠠᠷᠤᠯ ᠤᠨ ᠭᠠᠵᠠᠷ ᠤᠨ ᠵᠢᠭᠠᠯᠲᠠ ᠶᠢᠨ ᠲᠤᠬᠠᠢ ᠳᠦᠷᠢᠮ᠂ 1976 ᠣᠨ ᠳᠤ ᠪᠦᠲᠦᠭᠡᠭᠳᠡᠬᠦᠨ ᠦ ᠵᠠᠭᠪᠤᠷ ᠤᠨ ᠳᠦᠷᠢᠮ᠂ 1993 ᠣᠨ ᠳᠤ ᠪᠠᠷᠠᠭᠠᠨ ᠤ ᠲᠡᠮᠳᠡᠭ᠂ ᠠᠵᠤ ᠠᠬᠤᠢ ᠶᠢᠨ ᠨᠢᠭᠡᠴᠡ ᠶᠢᠨ ᠨᠡᠷ᠎ᠡ ᠶᠢᠨ ᠲᠤᠬᠠᠢ ᠬᠠᠤᠯᠢ᠂ ᠡᠷᠬᠡ ᠵᠦᠢ ᠶᠢᠨ ᠠᠺᠲ ᠤᠳ ᠪᠠᠲᠤᠯᠠᠭᠳᠠᠵᠤ ᠪᠠᠶᠢᠭᠰᠠᠨ᠃ 2004 ᠣᠨ ᠳᠤ ᠫᠠᠲ᠋ᠧᠨᠲ ᠤᠨ ᠲᠤᠬᠠᠢ ᠬᠠᠤᠯᠢ ᠪᠣᠯᠤᠨ ᠵᠣᠬᠢᠶᠠᠭᠴᠢ ᠶᠢᠨ ᠡᠷᠬᠡ ᠪᠣᠯᠤᠨ ᠬᠠᠮᠢᠶᠠᠷᠬᠤ ᠡᠷᠬᠡ ᠶᠢᠨ ᠲᠤᠬᠠᠢ ᠬᠠᠤᠯᠢ᠂ 2010 ᠣᠨ ᠳᠤ ᠪᠠᠷᠠᠭᠠᠨ ᠤ ᠲᠡᠮᠳᠡᠭ᠂ ᠭᠠᠵᠠᠷᠵᠦᠢ ᠶᠢᠨ ᠵᠢᠭᠠᠯᠲᠠ ᠶᠢᠨ ᠲᠤᠬᠠᠢ ᠬᠠᠤᠯᠢ ᠶᠢ ᠲᠤ ᠲᠤᠰ ᠰᠢᠨᠡᠴᠢᠯᠡᠨ ᠪᠠᠲᠤᠯᠠᠪᠠ᠃ᠣᠶᠤᠨ ᠤ ᠥᠮᠴᠢ ᠶᠢᠨ ᠡᠷᠬᠡ ᠶᠢᠨ ᠬᠠᠮᠠᠭᠠᠯᠠᠯᠲᠠ ᠳᠤ ᠣᠶᠤᠨ ᠤ ᠥᠮᠴᠢ ᠶᠢᠨ ᠣᠯᠠᠨ ᠤᠯᠤᠰ ᠤᠨ ᠲᠣᠭᠲᠠᠯᠴᠠᠭᠠᠨ ᠳᠤ ᠨᠢᠭᠡ ᠳᠦ ᠬᠢ ᠶᠠᠪᠤᠳᠠᠯ ᠨᠡᠯᠢᠶᠡᠳ ᠴᠢᠬᠤᠯᠠ ᠠᠴᠢ ᠬᠣᠯᠪᠣᠭᠳᠠᠯ ᠲᠠᠢ᠃ ᠡᠨᠡ ᠡᠭᠦᠳᠡᠨ ᠡᠴᠡ᠄


1979 ᠣᠨ ᠳᠤ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠭᠡᠰᠢᠭᠦᠨ

1985 ᠣᠨ ᠳᠤ ᠠᠵᠤ ᠦᠢᠯᠡᠳᠪᠦᠷᠢ ᠶᠢᠨ ᠥᠮᠴᠢ ᠶᠢ ᠬᠠᠮᠠᠭᠠᠯᠠᠬᠤ ᠲᠤᠬᠠᠢ ᠫᠠᠷᠢᠰ ᠤᠨ ᠺᠣᠨᠸᠧᠨᠼ

1985 ᠣᠨ ᠳᠤ ᠪᠠᠷᠠᠭᠠᠨ ᠤ ᠲᠡᠮᠳᠡᠭ ᠦᠨ ᠣᠯᠠᠨ ᠤᠯᠤᠰ ᠤᠨ ᠪᠦᠷᠢᠳᠬᠡᠯ ᠦᠨ ᠲᠤᠬᠠᠢ ᠮᠠᠳ᠋ᠷᠢᠳᠢ ᠶᠢᠨ ᠬᠡᠯᠡᠯᠴᠡᠭᠡᠷ

1991 ᠣᠨ ᠳᠤ ᠫᠠᠲ᠋ᠧᠨᠲ ᠤᠨ ᠬᠠᠮᠲᠤ ᠶᠢᠨ ᠠᠵᠢᠯᠯᠠᠭᠠᠨ ᠤ ᠲᠤᠬᠠᠢ ᠭᠡᠷ᠎ᠡ

1997 ᠣᠨ ᠳᠤ ᠬᠤᠳᠠᠯᠳᠤᠭᠠᠨ ᠳᠤ ᠬᠠᠮᠢᠶᠠᠷᠬᠤ ᠣᠶᠤᠨ ᠤ ᠥᠮᠴᠢ ᠶᠢᠨ ᠡᠷᠬᠡ ᠶᠢᠨ ᠲᠤᠬᠠᠢ ᠬᠡᠯᠡᠯᠴᠡᠭᠡᠷ

1997 ᠣᠨ ᠳᠤ ᠪᠦᠲᠦᠭᠡᠭᠳᠡᠬᠦᠨ ᠦ ᠵᠠᠭᠪᠤᠷ ᠤᠨ ᠣᠯᠠᠨ ᠤᠯᠤᠰ ᠤᠨ ᠪᠦᠷᠢᠳᠬᠡᠯ ᠦᠨ ᠲᠤᠬᠠᠢ ᠭᠠᠭᠠᠭ ᠤᠨ ᠬᠡᠯᠡᠯᠴᠡᠭᠡᠷ

1998 ᠣᠨ ᠳᠤ ᠤᠳᠬ᠎ᠠ ᠵᠣᠬᠢᠶᠠᠯ᠂ ᠤᠷᠠᠯᠢᠭ ᠤᠨ ᠪᠦᠲᠦᠭᠡᠯ ᠢ ᠬᠠᠮᠠᠭᠠᠯᠠᠬᠤ ᠲᠤᠬᠠᠢ ᠪᠧᠷᠨᠢ ᠶᠢᠨ ᠺᠣᠨᠸᠧᠨᠼ

2001 ᠣᠨ ᠳᠤ ᠪᠠᠷᠠᠭᠠᠨ ᠤ ᠲᠡᠮᠳᠡᠭ ᠦᠨ ᠣᠯᠠᠨ ᠤᠯᠤᠰ ᠤᠨ ᠪᠦᠷᠢᠳᠬᠡᠯ ᠦᠨ ᠲᠤᠬᠠᠢ ᠮᠠᠳ᠋ᠷᠢᠳ ᠤᠨ ᠬᠡᠯᠡᠯᠴᠡᠭᠡᠷ᠂ᠲᠡᠭᠦᠨ ᠦ ᠶᠢᠨ ᠫᠷᠣᠲ᠋ᠣᠺᠣᠯ

2001 ᠣᠨ ᠳᠤ ᠪᠦᠲᠦᠭᠡᠭᠳᠡᠬᠦᠨ ᠦ ᠵᠠᠭᠪᠤᠷ ᠤᠨ ᠣᠯᠠᠨ ᠤᠯᠤᠰ ᠤᠨ ᠠᠩᠭᠢᠯᠠᠯ ᠲᠣᠭᠲᠠᠭᠠᠬᠤ ᠲᠤᠬᠠᠢ ᠯᠣᠺᠠᠷᠨᠢ ᠶᠢᠨ ᠬᠡᠯᠡᠯᠴᠡᠭᠡᠷ

2002 ᠣᠨ ᠳᠤ ᠫᠠᠲ᠋ᠧᠨᠲ ᠤᠨ ᠣᠯᠠᠨ ᠤᠯᠤᠰ ᠤᠨ ᠠᠩᠭᠢᠯᠠᠯ ᠤᠨ ᠲᠤᠬᠠᠢ ᠰᠲᠷᠠᠰᠪᠦᠦᠭ ᠦᠨ ᠬᠡᠯᠡᠯᠴᠡᠭᠡᠷ

2001 ᠣᠨ ᠳᠤ ᠪᠠᠷᠠᠭᠠᠨ ᠤ ᠲᠡᠮᠳᠡᠭ ᠢ ᠪᠦᠷᠢᠳᠬᠡᠬᠦ ᠵᠣᠷᠢᠯᠭ᠎ᠠ ᠪᠠᠷ ᠪᠠᠷᠠᠭ᠎ᠠ᠂ ᠦᠢᠯᠡᠴᠢᠯᠡᠭᠡᠨ ᠦ ᠣᠯᠠᠨ ᠤᠯᠤᠰ ᠤᠨ ᠠᠩᠭᠢᠯᠠᠯ ᠲᠣᠭᠲᠠᠭᠠᠬᠤ ᠲᠤᠬᠠᠢ ᠨᠢᠼᠼ ᠤᠨ ᠬᠡᠯᠡᠯᠴᠡᠭᠡᠷ

2002 ᠣᠨ ᠳᠤ ᠣᠯᠢᠮᠫ ᠤᠨ ᠪᠡᠯᠭᠡ ᠲᠡᠮᠳᠡᠭ ᠢ ᠬᠠᠮᠠᠭᠠᠯᠠᠬᠤ ᠲᠤᠬᠠᠢ ᠨᠠᠶᠢᠷᠣᠪ ᠤᠨ ᠭᠡᠷ᠎ᠡ

2002 ᠣᠨ ᠳᠤ ᠵᠣᠬᠢᠶᠠᠭᠴᠢ ᠶᠢᠨ ᠡᠷᠬᠡ ᠶᠢᠨ ᠲᠤᠬᠠᠢ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠭᠡᠷ᠎ᠡ

2002 ᠣᠨ ᠳᠤ ᠲᠣᠭᠯᠠᠯᠲᠠ ᠪᠣᠯᠤᠨ ᠳᠠᠭᠤᠤ ᠠᠪᠢᠶᠠᠨ ᠤ ᠪᠢᠴᠢᠯᠭᠡ ᠶᠢᠨ ᠲᠤᠬᠠᠢ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢ ᠬᠠᠮᠠᠭᠠᠯᠠᠬᠤ ᠣᠯᠠᠨ ᠤᠯᠤᠰ ᠤᠨ ᠺᠣᠨᠸᠧᠨᠼ

2005 ᠰᠤᠶᠤᠯ ᠤᠨ ᠪᠡᠶᠡᠲᠦ ᠪᠤᠰᠤ ᠥᠪ ᠢ ᠬᠠᠮᠠᠭᠠᠯᠠᠬᠤ ᠲᠤᠬᠠᠢ ᠦᠨ ᠺᠣᠨᠸᠧᠨᠼ

2008 ᠪᠦᠲᠦᠭᠡᠭᠳᠡᠬᠦᠨ ᠦ ᠵᠠᠭᠪᠤᠷ ᠤᠨ ᠣᠯᠠᠨ ᠤᠯᠤᠰ ᠤᠨ ᠪᠦᠷᠢᠳᠬᠡᠯ ᠦᠨ ᠲᠤᠬᠠᠢ ᠭᠠᠭᠠᠭ ᠤᠨ ᠬᠡᠯᠡᠯᠴᠡᠭᠡᠷ ᠦᠨ

1999 ᠣᠨ ᠤ ᠵᠧᠨᠧᠪ ᠦᠨ ᠠᠺᠲ

2011 ᠪᠠᠷᠠᠭᠠᠨ ᠤ ᠲᠡᠮᠳᠡᠭ ᠦᠨ ᠬᠠᠤᠯᠢ ᠶᠢᠨ ᠲᠤᠬᠠᠢ ᠰᠢᠩᠭᠠᠫᠦᠷ ᠤᠨ


ᠣᠶᠤᠨ ᠤ ᠥᠮᠴᠢ ᠶᠢᠨ ᠭᠠᠵᠠᠷ ᠨᠢ ᠳᠠᠷᠤᠭ᠎ᠠ᠂ ᠠᠵᠤ ᠦᠢᠯᠡᠳᠪᠦᠷᠢ ᠶᠢᠨ ᠥᠮᠴᠢ ᠶᠢᠨ ᠭᠠᠵᠠᠷ᠂ ᠵᠣᠬᠢᠶᠠᠭᠴᠢ ᠶᠢᠨ ᠡᠷᠬᠡ ᠶᠢᠨ ᠭᠠᠵᠠᠷ᠂ ᠵᠠᠬᠢᠷᠭ᠎ᠠ ᠤᠳᠤᠷᠢᠳᠤᠯᠭ᠎ᠠ ᠶᠢᠨ ᠭᠠᠵᠠᠷ᠂ ᠬᠢᠨᠠᠯᠲᠠ ᠶᠢᠨ ᠭᠠᠵᠠᠷ ᠭᠡᠰᠡᠨ ᠪᠦᠲᠦᠴᠡᠲᠡᠢ ᠪᠡᠷ᠂ 59 ᠠᠵᠢᠯᠲᠠᠨ ᠲᠠᠢ ᠪᠠᠷ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃